ᠳᠠᠷᠬᠠᠨ ᠮᠠᠨᠠᠶ ᠲᠤᠰᠠᠭᠠᠷ ᠤᠯᠥᠰ
ᠳᠠᠶᠠᠭᠠᠷ ᠮᠤᠩᠭᠣᠯ ᠤᠨ ᠠᠷᠢᠭᠤᠨ ᠭᠤᠯᠤᠮᠲᠠ
ᠳᠠᠯᠠᠢ ᠶᠡᠬᠡ ᠳᠡᠭᠡᠳᠦᠰ ᠤᠨ ᠭᠡᠭᠡᠨ ᠦᠢᠯᠡᠰ
ᠳᠠᠩᠳᠠ ᠡ᠊ᠩᠬᠡᠵᠢᠵᠦ᠂ ᠡᠭᠦᠷᠢᠳᠡ ᠮᠦᠩᠬᠡᠵᠢᠨᠠ᠃
ᠬᠠᠮᠤᠭ ᠳᠡᠯᠡᠭᠡᠢ ᠵᠢᠨ ᠰᠢᠳᠤᠷᠭᠤ ᠤᠯᠤᠰ ᠲᠠᠢ
ᠬᠠᠮᠲᠤᠷᠠᠨ ᠨᠢᠭᠡᠳᠦᠭᠰᠡᠨ ᠡᠪ ᠢᠶᠡᠨ ᠪᠡᠬᠢᠵᠢᠭᠦᠯᠵᠦ
ᠬᠠᠲᠤᠨ ᠵᠤᠷᠢᠭ ᠪᠦᠬᠦᠶᠢᠯᠠ ᠴᠢᠳᠠᠯ ᠢᠶᠠᠷ ᠢᠶᠠᠨ
ᠬᠠᠢᠢᠷᠠᠲᠠᠢ ᠮᠣᠩᠭᠤᠯ ᠤᠷᠤᠨ ᠢᠶᠠᠨ ᠮᠠᠨᠳᠤᠭᠤᠯᠤᠢᠠ᠃
ᠦᠨᠳᠦᠷ ᠲᠦᠷᠦ ᠵᠢᠨ ᠮᠢᠨᠢ ᠰᠦᠯᠳᠡ ᠢᠪᠡᠭᠡᠵᠦ
ᠦᠷᠭᠡᠨ ᠲᠦᠮᠡᠨ ᠦ ᠮᠢᠨᠢ ᠵᠠᠶᠠᠭ᠎ᠠ ᠲᠦᠰᠢᠵᠦ
ᠦᠨᠳᠦᠰᠦ ᠢᠵᠠᠭᠤᠷ᠂ ᠬᠡᠯᠡ᠂ ᠰᠤᠶᠤᠯ ᠢᠶᠠᠨ
ᠦᠷ᠎ᠡ ᠵᠢᠨ ᠦᠷ᠎ᠡ ᠳ᠋ᠡᠭᠡᠨ ᠦᠪᠯᠡᠨ ᠪᠠᠳᠠᠷᠠᠭᠠᠶᠠ᠃
ᠡᠷᠡᠯᠬᠡᠭ᠌ ᠮᠣᠩᠭᠤᠯ ᠤᠨ ᠵᠤᠯ ᠲᠠᠢ ᠠᠷᠠᠳ ᠦᠳ
ᠡᠷᠬᠡ ᠴᠢᠯᠦᠭᠡ ᠵᠢᠷᠭᠠᠯ ᠢ ᠡᠳ᠋ᠯᠡᠪᠡ
ᠵᠢᠷᠭᠠᠯ ᠤᠨ ᠲᠦᠯᠬᠢᠭᠦᠷ᠂ ᠬᠦᠭ᠍ᠵᠢᠯ ᠦᠨ ᠲᠤᠯᠭᠠᠭᠤᠷᠢ
ᠵᠢᠪᠬᠤᠯᠠᠩᠲᠤ ᠮᠠᠨᠠᠶ ᠤᠷᠤᠨ ᠮᠠᠨᠳᠤᠲᠤᠭᠠᠢ᠅