ᠳᠠᠷᠬᠠᠨ ᠮᠠᠨᠠᠶ ᠲᠤᠰᠠᠭᠠᠷ ᠤᠯᠥᠰ
ᠳᠠᠶᠠᠭᠠᠷ ᠮᠤᠩᠭᠣᠯ ᠤᠨ ᠠᠷᠢᠭᠤᠨ ᠭᠤᠯᠤᠮᠲᠠ
ᠳᠠᠯᠠᠢ ᠶᠡᠬᠡ ᠳᠡᠭᠡᠳᠦᠰ ᠤᠨ ᠭᠡᠭᠡᠨ ᠦᠢᠯᠡᠰ
ᠳᠠᠩᠳᠠ ᠡ᠊ᠩᠬᠡᠵᠢᠵᠦ᠂ ᠡᠭᠦᠷᠢᠳᠡ ᠮᠦᠩᠬᠡᠵᠢᠨ᠎ᠠ᠃

ᠬᠠᠮᠤᠭ ᠳᠡᠯᠡᠭᠡᠢ ᠵᠢᠨ ᠰᠢᠳᠤᠷᠭᠤ ᠤᠯᠤᠰ ᠲᠠᠢ
ᠬᠠᠮᠲᠤᠷᠠᠨ ᠨᠢᠭᠡᠳᠦᠭᠰᠡᠨ ᠡᠪ ᠢᠶᠡᠨ ᠪᠡᠬᠢᠵᠢᠭᠦᠯᠵᠦ
ᠬᠠᠲᠤᠨ ᠵᠤᠷᠢᠭ ᠪᠦᠬᠦᠶᠢᠯᠠ ᠴᠢᠳᠠᠯ ᠢᠶᠠᠷ ᠢᠶᠠᠨ
ᠬᠠᠢᠢᠷᠠᠲᠠᠢ ᠮᠣᠩᠭᠤᠯ ᠤᠷᠤᠨ ᠢᠶᠠᠨ ᠮᠠᠨᠳᠤᠭᠤᠯᠤᠢ᠎ᠠ᠃

ᠦᠨᠳᠦᠷ ᠲᠦᠷᠦ ᠵᠢᠨ ᠮᠢᠨᠢ ᠰᠦᠯᠳᠡ ᠢᠪᠡᠭᠡᠵᠦ
ᠦᠷᠭᠡᠨ ᠲᠦᠮᠡᠨ ᠦ ᠮᠢᠨᠢ ᠵᠠᠶᠠᠭ᠎ᠠ ᠲᠦᠰᠢᠵᠦ
ᠦᠨᠳᠦᠰᠦ ᠢᠵᠠᠭᠤᠷ᠂ ᠬᠡᠯᠡ᠂ ᠰᠤᠶᠤᠯ ᠢᠶᠠᠨ
ᠦᠷ᠎ᠡ ᠵᠢᠨ ᠦᠷ᠎ᠡ ᠳ᠋ᠡᠭᠡᠨ ᠦᠪᠯᠡᠨ ᠪᠠᠳᠠᠷᠠᠭᠠᠶ᠎ᠠ᠃

ᠡᠷᠡᠯᠬᠡᠭ᠌ ᠮᠣᠩᠭᠤᠯ  ᠤᠨ ᠵᠤᠯ ᠲᠠᠢ ᠠᠷᠠᠳ ᠦᠳ
ᠡᠷᠬᠡ ᠴᠢᠯᠦᠭᠡ ᠵᠢᠷᠭᠠᠯ ᠢ ᠡᠳ᠋ᠯᠡᠪᠡ
ᠵᠢᠷᠭᠠᠯ ᠤᠨ ᠲᠦᠯᠬᠢᠭᠦᠷ᠂ ᠬᠦᠭ᠍ᠵᠢᠯ  ᠦᠨ ᠲᠤᠯᠭᠠᠭᠤᠷᠢ
ᠵᠢᠪᠬᠤᠯᠠᠩᠲᠤ ᠮᠠᠨᠠᠶ ᠤᠷᠤᠨ ᠮᠠᠨᠳᠤᠲᠤᠭᠠᠢ᠅